Та "Internet explorer"-ийн сүүлийн хувилбар болох "Microsoft edge"-г ашиглана уу

Хэрэв "Microsoft edge"-г татах бол энд дарж татаж авна уу

ᠬᠦᠨᠡᠰᠦᠨ ᠦ ᠬᠤᠪᠢᠰᠬᠠᠯ ᠤᠨ ᠬᠦᠷᠢᠶᠡᠨ ᠳᠥ ᠰᠢᠨ᠎ᠡ ᠦᠶ᠎ᠡ ᠢᠢᠨ ᠭᠢᠳ᠋ᠷᠣᠫᠣᠨᠢᠺ ᠬᠦᠯᠡᠮᠵᠢ ᠪᠠᠢᠢᠭᠤᠯᠬᠤ ᠲᠥᠰᠥᠯ ᠬᠡᠷᠡᠭᠵᠢᠵᠦ ᠡᠬᠢᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠰᠠᠨᠠᠭᠠᠴᠢᠯᠠᠨ ᠬᠡᠷᠡᠭᠵᠢᠭᠦᠯᠵᠦ ᠪᠠᠢᠢᠭ᠎ᠠ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ 《ᠫᠷᠧᠮᠢᠦᠢᠮ ᠭᠷᠦᠢᠫ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠂ ᠪᠦᠭᠦᠳᠡ ᠨᠠᠶᠢᠷᠠᠮᠳᠠᠬᠤ ᠰᠣᠯᠣᠩ᠋ᠭᠣᠰ ᠤᠯᠤᠰ ᠍ ᠤᠨ 《ᠫᠯᠠᠨ᠋ᠲ ᠲᠹᠠᠷᠮ》 ᠺᠣᠮᠫᠠᠨᠢ ᠬᠠᠮᠲᠤᠷᠠᠨ ᠰᠢᠨ᠎ᠡ ᠦᠶ᠎ᠡ ᠢᠢᠨ ᠭᠢᠳ᠋ᠷᠣᠫᠣᠨᠢᠺ ᠬᠦᠯᠡᠮᠵᠢ ᠪᠠᠢᠢᠭᠤᠯᠬᠤ ᠲᠥᠰᠥᠯ ᠢᠶᠡᠨ ᠬᠡᠷᠡᠭᠵᠢᠭᠦᠯᠵᠦ ᠡᠬᠢᠯᠡᠯ᠎ᠡ᠃

ᠬᠠᠮᠲᠤᠷᠠᠭᠰᠠᠨ ᠺᠣᠮᠫᠠᠨᠢ ᠡᠭᠦᠰᠬᠡᠨ ᠪᠠᠢᠢᠭᠤᠯᠬᠤ ᠪᠣᠯᠤᠨ ᠲᠥᠰᠥᠯ ᠦᠨ ᠨᠡᠭᠡᠭᠡᠯᠲᠡ ᠢᠢᠨ ᠶᠣᠰᠣᠯᠠᠯ ᠳᠤ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ᠂ ᠶᠡᠷᠦᠩᠬᠡᠢᠢᠯᠡᠭᠴᠢ ᠢᠢᠨ ᠬᠣᠲᠠ᠂ ᠬᠥᠳᠡᠭᠡ ᠢᠢᠨ ᠪᠣᠳᠣᠯᠭ᠎ᠠ ᠢᠢᠨ ᠵᠥᠪᠯᠡᠬᠦ ᠣ᠊ ∙ ᠪᠤᠶᠠᠨᠨᠡᠮᠡᠬᠦ᠂ ᠠᠯᠪᠠᠨ ᠤ ᠪᠤᠰᠤᠳ ᠬᠦᠮᠦᠨ ᠤᠷᠤᠯᠴᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠷᠡᠬᠦ ᠲᠠᠪᠤᠨ ᠵᠢᠯ ᠳᠥ ᠭᠣᠣᠯ ᠨᠡᠷ᠎ᠡ ᠢᠢᠨ 19 ᠲᠥᠷᠥᠯ ᠦᠨ ᠪᠦᠲᠦᠭᠡᠭ᠍ᠳᠡᠬᠦᠨ ᠢᠶᠡᠷ ᠳᠣᠲᠣᠭᠠᠳᠤ ᠢᠢᠨ ᠬᠡᠷᠡᠭᠴᠡᠭᠡ ᠪᠡᠨ ᠬᠠᠩ᠋ᠭᠠᠬᠤ ᠵᠣᠷᠢᠯᠲᠠ ᠲᠠᠯᠪᠢᠭᠰᠠᠨ ᠡᠨᠡ ᠦᠶ᠎ᠡ ᠳᠥ ᠠᠵᠤ ᠠᠬᠤᠢ ᠢᠢᠨ ᠨᠢᠭᠡᠴᠡ ᠨᠦᠭᠦᠳ ᠬᠥᠷᠥᠩ᠋ᠭᠡ ᠣᠷᠣᠭᠤᠯᠤᠯᠲᠠ ᠬᠡᠢᠢᠨ᠂ ᠬᠠᠮᠲᠤᠷᠠᠨ ᠠᠵᠢᠯᠯᠠᠵᠤ ᠪᠠᠢᠢᠭ᠎ᠠ ᠳ᠋ᠤ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠲᠠᠯᠠᠷᠬᠠᠯ ᠢᠯᠡᠷᠬᠡᠢᠢᠯᠡᠪᠡ᠃

ᠮᠥᠨ ᠰᠢᠨ᠎ᠡ ᠲᠧᠭᠨᠢᠭ᠂ ᠲᠧᠭᠨᠣᠯᠣᠭᠢ ᠨᠡᠪᠲᠡᠷᠡᠭᠦᠯᠬᠦ᠂ ᠨᠤᠲᠤᠭᠰᠢᠭᠤᠯᠬᠤ᠂ ᠠᠵᠢᠯᠯᠠᠬᠤ ᠬᠦᠴᠦ ᠪᠡᠨ ᠪᠡᠯᠡᠳᠬᠡᠬᠦ᠂ ᠲᠥᠷᠥ᠂ ᠬᠤᠪᠢ ᠢᠢᠨ ᠬᠡᠪᠰᠢᠯ ᠦᠨ ᠲᠦᠩᠰᠢᠯᠡᠯ ᠢ ᠪᠡᠬᠢᠵᠢᠭᠦᠯᠬᠦ᠂ ᠡᠨᠡ ᠬᠦᠷᠢᠶᠡᠨ ᠳᠥ ᠠᠵᠤ ᠠᠬᠤᠢ ᠢᠢᠨ ᠨᠢᠭᠡᠴᠡ ᠨᠦᠭᠦᠳ ᠦᠨ ᠠᠯᠢᠪᠠ ᠰᠠᠨᠠᠯ᠂ ᠰᠠᠨᠠᠭᠠᠴᠢᠯᠠᠭ᠎ᠠ ᠢᠢ ᠪᠦᠬᠦ ᠲᠠᠯ᠎ᠠ ᠪᠠᠷ ᠳᠡᠮᠵᠢᠬᠦ ᠪᠡᠨ ᠬᠡᠯᠡᠪᠡ᠃

ᠰᠢᠨ᠎ᠡ ᠦᠶ᠎ᠡ ᠢᠢᠨ ᠭᠢᠳ᠋ᠷᠣᠫᠣᠨᠢᠺ ᠬᠦᠯᠡᠮᠵᠢ ᠢᠢ ᠰᠢᠩ᠋ᠭᠠᠫᠦᠷ᠂ ᠺᠠᠨᠠᠳ᠋᠂ ᠠᠮᠧᠷᠢᠺᠠ ᠢᠢᠨ ᠨᠢᠭᠡᠳᠦᠭᠰᠡᠨ ᠤᠯᠤᠰ᠂ ᠪᠦᠭᠦᠳᠡ ᠨᠠᠶᠢᠷᠠᠮᠳᠠᠬᠤ ᠰᠣᠯᠣᠩ᠋ᠭᠣᠰ ᠤᠯᠤᠰ ᠂ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠶᠢᠷᠠᠮᠳᠠᠬᠤ ᠲᠥᠷᠺ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠵᠡᠷᠭᠡ ᠤᠯᠤᠰ ᠨᠡᠪᠲᠡᠷᠡᠭᠦᠯᠦᠭᠡᠳ ᠪᠠᠢᠢᠨ᠎ᠠ᠃