Та "Internet explorer"-ийн сүүлийн хувилбар болох "Microsoft edge"-г ашиглана уу

Хэрэв "Microsoft edge"-г татах бол энд дарж татаж авна уу

thumbnail 20.9.11-Helmegdegsed4
20.9.11-Helmegdegsed4
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠡᠯᠮᠡᠭᠳᠡᠭᠰᠡᠳ ᠦᠨ ᠬᠥᠰᠢᠶᠡᠨ ᠳᠥ ᠴᠡᠴᠡᠭ ᠡᠷᠭᠦᠵᠦ᠂ ᠬᠦᠨᠳᠦᠳᠬᠡᠯ ᠦᠵᠡᠭᠦᠯᠪᠡ

ᠵᠢᠯ ᠪᠦᠷᠢ ᠢᠢᠨ ᠶᠢᠰᠦᠳᠦᠭᠡᠷ ᠰᠠᠷ᠎ᠠ ᠢᠢᠨ 10 ᠍ ᠤ ᠡᠳᠦᠷ ᠢ ᠤᠯᠤᠰ ᠲᠥᠷᠦ ᠢᠢᠨ ᠬᠢᠯᠢᠰ ᠬᠡᠷᠡᠭ ᠲᠥ ᠬᠡᠯᠮᠡᠭᠳᠡᠭᠰᠡᠳ ᠦᠨ ᠳᠤᠷᠠᠰᠬᠠᠯ ᠢ ᠬᠦᠨᠳᠦᠳᠬᠡᠬᠦ ᠡᠳᠦᠷ ᠪᠣᠯᠭᠠᠨ ᠣᠷᠣᠨ ᠳᠠᠶᠠᠭᠠᠷ ᠬᠦᠨᠳᠦᠳᠬᠡᠨ ᠥᠩᠭᠡᠷᠡᠭᠦᠯᠵᠦ ᠪᠠᠢᠢᠬᠤ ᠲᠤᠬᠠᠢ ᠤᠯᠤᠰ ᠤᠨ ᠶᠡᠬᠡ ᠬᠤᠷᠠᠯ ᠤᠨ ᠰᠢᠢᠳᠪᠦᠷᠢ 1996 ᠣᠨ ᠳᠤ ᠭᠠᠷᠤᠭᠰᠠᠨ᠃

ᠡᠨᠡ ᠡᠳᠦᠷ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠭᠣᠮᠪᠣᠵᠠᠪ ᠤᠨ ᠽᠠᠨᠳᠠᠨᠰᠢᠲᠠᠷ᠎ᠠ ᠨᠠᠷ ᠥᠨᠥᠳᠥᠷ ᠬᠡᠯᠮᠡᠭᠳᠡᠭᠰᠡᠳ ᠦᠨ ᠬᠥᠰᠢᠶᠡᠨ ᠳᠥ ᠴᠡᠴᠡᠭ ᠡᠷᠭᠦᠯ᠎ᠡ᠃

ᠬᠡᠯᠮᠡᠭᠳᠡᠭᠰᠡᠳ ᠦᠨ ᠳᠤᠷᠠᠰᠬᠠᠯ ᠢ ᠬᠦᠨᠳᠦᠳᠬᠡᠬᠦ ᠪᠡᠷ ᠢᠷᠡᠭᠰᠡᠨ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠳ᠂ ᠤᠯᠤᠰ ᠲᠥᠷᠦ ᠢᠢᠨ

thumbnail 20.09.01-Hicheel
20.09.01-Hicheel
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2020-2021 ᠣᠨ ᠤ ᠬᠢᠴᠢᠶᠡᠯ ᠦᠨ ᠰᠢᠨ᠎ᠡ ᠵᠢᠯ ᠦᠨ ᠨᠡᠭᠡᠭᠡᠯᠲᠡ ᠢᠢ ᠲᠣᠬᠢᠶᠠᠯᠳᠤᠭᠤᠯᠤᠨ ᠮᠡᠨᠳᠦᠴᠢᠯᠡᠭᠡ ᠳᠡᠪᠰᠢᠭᠦᠯᠦᠯ᠎ᠡ

2020-2021 ᠣᠨ ᠤ ᠬᠢᠴᠢᠶᠡᠯ ᠦᠨ ᠰᠢᠨ᠎ᠡ ᠵᠢᠯ ᠦᠨ ᠨᠡᠭᠡᠭᠡᠯᠲᠡ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠮᠡᠨᠳᠦᠴᠢᠯᠡᠭᠡ ᠳᠡᠪᠰᠢᠭᠦᠯᠦᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠮᠡᠨᠳᠦᠴᠢᠯᠡᠭᠡᠨ ᠳᠦᠷ᠄

《ᠮᠣᠩ᠋ᠭᠣᠯ ᠤᠨ ᠢᠷᠡᠭᠡᠳᠦᠢ ᠰᠤᠷᠤᠭᠴᠢ ᠪᠠᠭᠠᠴᠤᠳ᠂ ᠣᠶᠤᠲᠠᠨ ᠵᠠᠯᠠᠭᠤᠰ ᠠ᠋᠂
ᠡᠷᠳᠡᠮᠲᠦ ᠪᠠᠭᠰᠢ᠂ ᠰᠤᠷᠭᠠᠨ ᠬᠦᠮᠦᠵᠢᠭᠦᠯᠦᠭᠴᠢᠳ᠂ ᠡᠴᠢᠭᠡ ᠡᠬᠡᠴᠦᠳ ᠡ᠂

ᠲᠠ ᠪᠦᠬᠦᠨ ᠳᠥ ᠪᠡᠨ ᠵᠢᠯ ᠪᠦᠷᠢ ᠢᠢᠨ ᠨᠠᠮᠤᠷ ᠬᠦᠮᠦᠨ ᠪᠦᠷᠢ ᠢᠢᠨ ᠬᠦᠰᠡᠨ ᠬᠦᠯᠢᠶᠡᠵᠦ᠂ ᠳᠣᠭᠳᠣᠯᠤᠨ ᠤᠭᠲᠤᠳᠠᠭ ᠶᠢᠰᠦᠳᠦᠭᠡᠷ ᠰᠠᠷ᠎ᠠ ᠢᠢᠨ ᠨᠢᠭᠡᠨ ᠦ ᠡᠳᠦᠷ ᠦᠨ ᠮᠡᠨᠳᠦ ᠢᠢ ᠳᠡᠪᠰᠢᠭᠦᠯᠦᠶ᠎ᠡ᠃

ᠶᠢᠰᠦᠳᠦᠭᠡᠷ ᠰᠠᠷ᠎ᠠ ᠢᠢᠨ ᠨᠢᠭᠡᠨ ᠪᠣᠯ ᠡᠷᠳᠡᠮ ᠦᠨ ᠪᠠᠶᠠᠷ ᠬᠡᠮᠡᠨ ᠳᠠᠭᠤᠯᠠᠵᠤ ᠥᠰᠦᠭᠰᠡᠨ᠂ ᠬᠦᠮᠦᠨ ᠪᠦᠷᠢ ᠳᠥ ᠡᠷᠳᠡᠮ ᠨᠣᠮ ᠳᠤ ᠲᠡᠮᠡᠦᠯᠬᠦ ᠢᠢᠨ ᠪᠠᠶᠠᠷ ᠵᠢᠷᠭᠠᠯ ᠢ

thumbnail 20.08.20-Horig
20.08.20-Horig
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠣᠷᠢᠭ ᠢ ᠬᠦᠯᠢᠶᠡᠨ ᠠᠪᠤᠯ᠎ᠠ

ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠭᠤᠴᠢᠨ ᠭᠤᠷᠪᠠ ᠳᠤᠭᠠᠷ ᠵᠦᠢᠯ ᠦᠨ 1 ᠳ᠋ᠡᠬᠢ ᠬᠡᠰᠡᠭ ᠦᠨ 1 ᠳ᠋ᠡᠬᠢ ᠵᠢᠭᠠᠯᠲᠠ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠤᠬᠠᠢ ᠬᠠᠤᠯᠢ ᠢᠢᠨ 12 ᠳ᠋ᠤᠭᠠᠷ ᠵᠦᠢᠯ ᠦᠨ 8 ᠳᠠᠬᠢ ᠬᠡᠰᠡᠭ ᠢ ᠲᠤᠰ ᠲᠤᠰ ᠦᠨᠳᠦᠰᠦᠯᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ 2020 ᠣᠨ ᠤ ᠲᠠᠪᠤᠳᠤᠭᠠᠷ ᠰᠠᠷ᠎ᠠ ᠢᠢᠨ 26 ᠍ ᠤ ᠡᠳᠦᠷ ᠮᠣᠩ᠋ᠭᠣᠯ ᠤᠯᠤᠰ ᠤᠨ ᠶᠡᠬᠡ ᠬᠤᠷᠠᠯ ᠤᠨ ᠲᠤᠬᠠᠢ ᠬᠠᠤᠯᠢ ᠢᠢᠨ 38 ᠳ᠋ᠤᠭᠠᠷ ᠵᠦᠢᠯ ᠦᠨ 38.2 ᠳᠠᠬᠢ ᠬᠡᠰᠡᠭ ᠲᠥ ᠬᠡᠰᠡᠭᠴᠢᠯᠡᠨ ᠬᠣᠷᠢᠭ ᠲᠠᠯᠪᠢᠭᠰᠠᠨ᠃

ᠤᠯᠤᠰ ᠤᠨ ᠶᠡᠬᠡ ᠬᠤᠷᠠᠯ ᠤᠨ ᠲᠤᠬᠠᠢ ᠬᠠᠤᠯᠢ ᠢᠢᠨ ᠰᠢᠨᠡᠴᠢᠯᠡᠭᠰᠡᠨ ᠨᠠᠢᠢᠷᠠᠭᠤᠯᠭ᠎ᠠ ᠢᠢ

thumbnail 20.07.12-Haalt
20.07.12-Haalt
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠨᠳᠦᠰᠦᠨ ᠦ ᠶᠡᠬᠡ ᠪᠠᠶᠠᠷ ᠨᠠᠭᠠᠳᠤᠮ ᠢ ᠬᠠᠭᠠᠵᠤ ᠦᠭᠡ ᠬᠡᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠯᠭᠤᠷ ᠲᠥᠷᠦ ᠢᠢᠨ 2229᠂ ᠶᠡᠬᠡ ᠮᠣᠩ᠋ᠭᠣᠯ ᠤᠯᠤᠰ ᠤᠨ 814᠂ ᠠᠷᠠᠳ ᠤᠨ ᠬᠤᠪᠢᠰᠬᠠᠯ ᠤᠨ 99 ᠵᠢᠯ ᠦᠨ ᠣᠢ ᠢᠢᠨ ᠦᠨᠳᠦᠰᠦᠨ ᠦ ᠶᠡᠬᠡ ᠪᠠᠶᠠᠷ ᠨᠠᠭᠠᠳᠤᠮ ᠢ ᠬᠠᠭᠠᠵᠤ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠨᠳᠦᠰᠦᠨ ᠦ ᠶᠡᠬᠡ ᠪᠠᠶᠠᠷ ᠨᠠᠭᠠᠳᠤᠮ ᠢ ᠬᠠᠭᠠᠵᠤ ᠄

《ᠨᠠᠭᠠᠳᠤᠮᠴᠢᠨ ᠣᠯᠠᠨ ᠮᠣᠩᠭᠣᠯᠴᠤᠳ ᠠ᠋᠂
ᠳᠡᠯᠡᠬᠡᠢ ᠳᠠᠶᠠᠭᠠᠷ ᠲᠤ ᠲᠠᠷᠬᠠᠨ ᠰᠠᠭᠤᠷᠢᠰᠢᠭ᠌ᠰᠠᠨ ᠮᠣᠩ᠋ᠭᠣᠯ ᠲᠤᠭᠤᠷᠭᠠᠲᠠᠨ ᠨᠤᠭᠤᠳ ᠠ᠋᠂

ᠡᠪᠦᠭᠡᠳ ᠳᠡᠭᠡᠳᠦᠰ ᠮᠢᠨᠢ ᠲᠤᠯᠭᠤᠷ ᠲᠥᠷᠦ ᠪᠠᠢᠢᠭᠤᠯᠤᠭᠳᠠᠭᠰᠠᠨ ᠴᠠᠭ ᠦᠶ᠎ᠡ ᠡᠴᠡ ᠡᠬᠢᠯᠡᠨ ᠡᠷ᠎ᠡ ᠢᠢᠨ ᠭᠤᠷᠪᠠᠨ ᠨᠠᠭᠠᠳᠤᠮ ᠢᠶᠠᠨ ᠠᠯᠭᠠᠰᠠᠯ ᠦᠭᠡᠢ ᠬᠢᠵᠦ ᠢᠷᠡᠭᠰᠡᠨ

thumbnail 20.07.12-Avarga
20.07.12-Avarga
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢᠶᠠᠷ ᠫ ∙ ᠪᠦᠷᠢᠨᠲᠡᠬᠦᠰ ᠲᠦᠷ 《ᠤᠯᠤᠰ ᠤᠨ ᠠᠪᠤᠷᠭᠤ》 ᠴᠣᠯᠠ ᠣᠯᠭᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠵᠠᠷᠯᠢᠭ ᠭᠠᠷᠭᠠᠵᠤ᠂ ᠲᠤᠯᠭᠤᠷ ᠲᠥᠷᠥ ᠢᠢᠨ 2229᠂ ᠶᠡᠬᠡ ᠮᠣᠩ᠋ᠭᠣᠯ ᠤᠯᠤᠰ ᠤᠨ 814᠂ ᠠᠷᠠᠳ ᠤᠨ ᠬᠤᠪᠢᠰᠬᠠᠯ ᠤᠨ 99 ᠵᠢᠯ ᠦᠨ ᠣᠢ ᠢᠢᠨ ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠦᠴᠦᠲᠦ ᠪᠥᠬᠡ ᠢᠢᠨ ᠪᠠᠷᠢᠯᠳᠤᠭᠠᠨ ᠳᠤ ᠶᠢᠰᠦ ᠳᠠᠪᠠᠨ ᠲᠦᠷᠦᠭᠦᠯᠡᠭᠰᠡᠨ ᠤᠪᠰᠤ ᠠᠢᠢᠮᠠᠭ ᠤᠨ ᠳᠠᠪᠤᠰᠤᠲᠤ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠤᠪᠰᠤ ᠨᠠᠭᠤᠷ》 ᠳᠡᠪᠵᠢᠶᠡᠨ ᠦ ᠪᠥᠬᠡ ᠫᠦᠷᠪᠦ ᠢᠢᠨ ᠪᠦᠷᠢᠨᠲᠡᠬᠦᠰ ᠲᠦᠷ《ᠤᠯᠤᠰ ᠤᠨ ᠠᠪᠤᠷᠭᠤ》 ᠴᠣᠯᠠ ᠣᠯᠭᠤᠯ᠎ᠠ᠃

《ᠤᠯᠤᠰ ᠤᠨ ᠠᠪᠤᠷᠭᠤ ᠴᠣᠯᠠ ᠣᠯᠭᠤᠬᠤ ᠲᠤᠬᠠᠢ》 ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢ ᠶᠡᠷᠦᠩᠬᠡᠢᠢᠯᠡᠭᠴᠢ ᠢᠢᠨ

thumbnail 20.07.12-Archery
20.07.12-Archery
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢᠶᠠᠷ ᠦᠨᠳᠦᠰᠦᠨ ᠦ ᠰᠤᠷ ᠤᠨ ᠬᠠᠷᠪᠤᠭᠠᠴᠢᠳ ᠲᠤ ᠤᠯᠤᠰ ᠤᠨ ᠴᠣᠯᠠ ᠣᠯᠭᠤᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠵᠠᠷᠯᠢᠭ ᠭᠠᠷᠭᠠᠵᠤ᠂ ᠲᠤᠯᠭᠤᠷ ᠲᠥᠷᠥ ᠢᠢᠨ 2229᠂ ᠶᠡᠬᠡ ᠮᠣᠩ᠋ᠭᠣᠯ ᠤᠯᠤᠰ ᠤᠨ 814᠂ ᠠᠷᠠᠳ ᠤᠨ ᠬᠤᠪᠢᠰᠬᠠᠯ ᠤᠨ 99 ᠵᠢᠯ ᠦᠨ ᠣᠢ ᠢᠢᠨ ᠦᠨᠳᠦᠰᠦᠨ ᠦ ᠶᠡᠬᠡ ᠪᠠᠶᠠᠷ ᠨᠠᠭᠠᠳᠤᠮ ᠤᠨ ᠦᠨᠳᠦᠰᠦᠨ ᠦ ᠰᠤᠷ ᠤᠨ ᠬᠠᠷᠪᠤᠭᠠᠨ ᠤ ᠲᠡᠮᠡᠴᠡᠭᠡᠨ ᠳᠥ ᠠᠮᠵᠢᠯᠲᠠᠲᠠᠢ ᠣᠷᠣᠯᠴᠠᠵᠤ᠂ ᠤᠯᠤᠰ ᠤᠨ ᠴᠣᠯᠠᠨ ᠤ ᠪᠣᠯᠵᠣᠯ ᠬᠠᠩ᠋ᠭᠠᠭᠰᠠᠨ ᠬᠠᠷᠪᠤᠭᠠᠴᠢᠳ ᠲᠤ ᠴᠣᠯᠠ ᠣᠯᠭᠤᠯ᠎ᠠ᠃

《ᠤᠯᠤᠰ ᠤᠨ ᠴᠣᠯᠠ ᠣᠯᠭᠣᠬᠤ ᠲᠤᠬᠠᠢ》 ᠵᠠᠷᠯᠢᠭ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠥ᠊ ∙ ᠰᠢᠵᠢᠷ ᠤᠩᠰᠢᠵᠤ ᠲᠠᠨᠢᠯᠴᠠᠭᠤᠯᠤᠭᠰᠠᠨ ᠤ ᠳᠠᠷᠠᠭ᠎ᠠ ᠮᠣᠩ᠋ᠭᠣᠯ