Та "Internet explorer"-ийн сүүлийн хувилбар болох "Microsoft edge"-г ашиглана уу

Хэрэв "Microsoft edge"-г татах бол энд дарж татаж авна уу

thumbnail 18.11.14 JDU4
18.11.14 JDU4
ᠪᠠᠶᠠᠯᠢᠭ ᠪᠦᠲᠦᠭᠡᠭ᠍ᠴᠢᠳ ᠢ ᠳᠡᠮᠵᠢᠬᠦ ᠬᠣᠯᠪᠣᠭᠠᠨ ᠤ ᠬᠢᠨ ᠵᠢᠵᠢᠭ᠂ ᠳᠤᠮᠳᠠ ᠦᠢᠯᠡᠳᠪᠦᠷᠢ ᠢᠢᠨ ᠬᠠᠤᠯᠢ ᠢᠢᠨ ᠲᠥᠰᠥᠯ ᠦᠨ ᠠᠰᠠᠭᠤᠳᠠᠯ ᠢᠶᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠠᠢ ᠠᠭᠤᠯᠵᠠᠵᠤ᠂ ᠶᠠᠷᠢᠯᠴᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠪᠠᠶᠠᠯᠢᠭ ᠪᠦᠲᠦᠭᠡᠭ᠍ᠴᠢᠳ ᠢ ᠳᠡᠮᠵᠢᠬᠦ ᠬᠣᠯᠪᠣᠭᠠᠨ ᠤ ᠬᠦᠰᠡᠯᠲᠡ ᠢᠢᠨ ᠳᠠᠭᠠᠭᠤ ᠲᠤᠰ ᠬᠣᠯᠪᠣᠭᠠᠨ ᠤ ᠭᠡᠰᠢᠭᠦᠳ ᠪᠣᠯᠬᠤ ᠵᠢᠵᠢᠭ᠂ ᠳᠤᠮᠳᠠ ᠦᠢᠯᠡᠳᠪᠦᠷᠢ ᠡᠷᠬᠢᠯᠡᠭᠴᠢ ᠢᠷᠭᠡᠳ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠢᠷᠭᠡᠨ ᠦ ᠲᠠᠩᠬᠢᠮ ᠳᠤ ᠬᠦᠯᠢᠶᠡᠨ ᠠᠪᠴᠤ ᠠᠭᠤᠯᠵᠠᠪᠠ᠃

 

ᠲᠤᠰ ᠬᠣᠯᠪᠣᠭᠠᠨ ᠤ ᠭᠦᠢᠴᠡᠳᠭᠡᠬᠦ ᠵᠠᠬᠢᠷᠤᠯ ᠪ ∙ ᠪᠠᠳᠤᠳᠡᠯᠭᠡᠷ ᠠᠭᠤᠯᠵᠠᠯᠲᠠ ᠢᠢᠨ ᠡᠬᠢᠨ ᠳᠥ 《…ᠵᠢᠵᠢᠭ᠂ ᠳᠤᠮᠳᠠ ᠦᠢᠯᠡᠳᠪᠦᠷᠢ ᠢᠢᠨ ᠲᠤᠬᠠᠢ ᠬᠠᠤᠯᠢ ᠢᠢᠨ ᠰᠢᠨᠡᠴᠢᠯᠡᠭᠰᠡᠨ ᠨᠠᠢᠢᠷᠠᠭᠤᠯᠭ᠎ᠠ ᠥᠷᠭᠡᠨ ᠪᠠᠷᠢᠭᠳᠠᠭᠰᠠᠨ ᠴᠤ ᠬᠠᠤᠯᠢ ᠢᠢᠨ ᠲᠥᠰᠥᠯ ᠳᠥ ᠵᠢᠵᠢᠭ᠂ ᠳᠤᠮᠳᠠ ᠦᠢᠯᠡᠳᠪᠦᠷᠢ ᠡᠷᠬᠢᠯᠡᠭᠴᠢᠳ ᠦᠨ ᠡᠷᠬᠡ ᠠᠰᠢᠭ ᠢ ᠬᠠᠮᠠᠭᠠᠯᠠᠬᠤ ᠪᠣᠯᠤᠭᠠᠳ ᠳᠡᠮᠵᠢᠯᠭᠡ

thumbnail 18.11.14 Davaa
18.11.14 Davaa
ᠳᠡᠰᠯᠡᠭᠴᠢ ᠭᠧᠨᠧᠷᠠᠯ ᠲ ∙ ᠳᠠᠪᠠᠭ᠎ᠠ ᠢᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠢᠢᠨ ᠡᠭᠦᠷᠭᠡᠲᠦ ᠠᠵᠢᠯ ᠠᠴᠠ ᠨᠢ ᠴᠢᠯᠦᠭᠡᠯᠡᠯ᠎ᠡ

ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠳᠡᠰᠯᠡᠭᠴᠢ ᠭᠧᠨᠧᠷᠠᠯ ᠲ ∙ ᠳᠠᠪᠠᠭ᠎ᠠ ᠢᠢ ᠥᠭᠡᠷ᠎ᠡ ᠠᠯᠪᠠᠨ ᠲᠤᠰᠢᠶᠠᠯ ᠳᠤ ᠲᠣᠮᠢᠯᠠᠭᠳᠠᠨ ᠠᠵᠢᠯᠯᠠᠬᠤ ᠭᠡᠵᠦ ᠪᠤᠢ ᠲᠠᠢ ᠨᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ ᠡᠭᠦᠷᠭᠡᠲᠦ ᠠᠵᠢᠯ ᠠᠴᠠ ᠨᠢ ᠴᠢᠯᠦᠭᠡᠯᠡᠯ᠎ᠡ᠃

 

ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠢᠢ ᠲᠤᠮᠢᠯᠠᠬᠤ ᠬᠦᠷᠲᠡᠯ᠎ᠡ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠨᠢᠭᠡᠳᠦᠭᠡᠷ ᠣᠷᠣᠯᠠᠭᠴᠢ ᠳᠠᠷᠤᠭ᠎ᠠ᠂ ᠬᠣᠰᠢᠭᠤᠴᠢ ᠭᠧᠨᠧᠷᠠᠯ ᠷ ∙ ᠰᠦᠬᠡᠪᠠᠲᠤ ᠢᠢ ᠳᠠᠷᠤᠭ᠎ᠠ ᠢᠢᠨ ᠡᠭᠦᠷᠭᠡ ᠭᠦᠢᠴᠡᠳᠬᠡᠭ᠍ᠴᠢ ᠪᠡᠷ ᠲᠤᠮᠢᠯᠠᠪᠠ᠃

thumbnail 18.11.13 Woman
18.11.13 Woman
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠨ ᠡᠮᠡᠭᠲᠡᠢᠢᠴᠦᠳ ᠦᠨ ᠬᠥᠳᠡᠯᠮᠦᠷᠢ ᠢᠢ ᠳᠡᠮᠵᠢᠬᠦ ᠬᠣᠯᠪᠣᠭᠠᠨ ᠤ ᠭᠡᠰᠢᠭᠦᠳ ᠲᠡᠢ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩ᠋ᠭᠣᠯ ᠤᠨ ᠡᠮᠡᠭᠲᠡᠢᠢᠴᠦᠳ ᠦᠨ ᠬᠥᠳᠡᠯᠮᠦᠷᠢ ᠢᠢ ᠳᠡᠮᠵᠢᠬᠦ ᠬᠣᠯᠪᠣᠭᠠᠨ ᠤ ᠬᠦᠰᠡᠯᠲᠡ ᠢᠢᠨ ᠳᠠᠭᠠᠭᠤ ᠬᠣᠯᠪᠣᠭᠠᠨ ᠤ ᠭᠡᠰᠢᠭᠦᠳ ᠪᠣᠯᠬᠤ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠢᠷᠭᠡᠨ ᠦ ᠲᠠᠩᠬᠢᠮ ᠳᠤ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠨ ᠡᠮᠡᠭᠲᠡᠢᠢᠴᠦᠳ ᠦᠨ ᠬᠥᠳᠡᠯᠮᠦᠷᠢ ᠢᠢ ᠳᠡᠮᠵᠢᠬᠦ ᠬᠣᠯᠪᠣᠭᠠᠨ ᠤ ᠶᠡᠷᠦᠩᠬᠡᠢᠢᠯᠡᠭᠴᠢ ᠱ ∙ ᠠᠷᠢᠭᠤᠨ᠎ᠠ ᠮᠣᠩ᠋ᠭᠣᠯ ᠳ᠋ᠠᠬᠢ ᠡᠮᠡᠭᠲᠡᠢᠢᠴᠦᠳ ᠦᠨ ᠬᠥᠳᠡᠯᠮᠦᠷᠢ ᠡᠷᠬᠢᠯᠡᠯᠲᠡ ᠢᠢᠨ ᠲᠠᠯ᠎ᠠ ᠪᠠᠷ ᠲᠣᠭᠠᠨ ᠮᠡᠳᠡᠭᠡᠯᠡᠯ ᠲᠠᠨᠢᠯᠴᠠᠭᠤᠯᠵᠤ᠂ ᠵᠢᠵᠢᠭ᠂ ᠳᠤᠮᠳᠠ ᠦᠢᠯᠡᠳᠪᠦᠷᠢ ᠢᠢ ᠬᠥᠭ᠍ᠵᠢᠭᠦᠯᠬᠦ ᠰᠠᠩ᠍ ᠦᠨ ᠦᠢᠯᠡ ᠠᠵᠢᠯᠯᠠᠭᠠᠨ ᠳᠤ ᠰᠢᠭᠦᠮᠵᠢᠯᠡᠯ ᠲᠡᠢ ᠬᠠᠨᠳᠤᠵᠤ ᠪᠤᠢ ᠲᠠᠯ᠎ᠠ ᠪᠠᠷ ᠢᠶᠠᠨ ᠰᠠᠨᠠᠯ᠂

thumbnail 18.11.12 shuuh
18.11.12 shuuh
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠰᠢᠨ᠎ᠡ ᠪᠡᠷ ᠲᠣᠮᠢᠯᠠᠭᠳᠠᠭᠰᠠᠨ ᠵᠠᠷᠢᠮ ᠰᠢᠭᠦᠭᠴᠢ ᠳᠥ ᠵᠠᠷᠯᠢᠭ ᠭᠠᠷᠳᠠᠭᠤᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠰᠢᠨ᠎ᠡ ᠪᠡᠷ ᠲᠣᠮᠢᠯᠠᠭᠳᠠᠭᠰᠠᠨ ᠵᠠᠷᠢᠮ ᠰᠢᠭᠦᠭ᠍ᠴᠢ ᠳᠤ ᠰᠢᠭᠦᠭ᠍ᠴᠢ ᠪᠡᠷ ᠲᠣᠮᠢᠯᠠᠭᠰᠠᠨ ᠵᠠᠷᠯᠢᠭ ᠢᠶᠠᠨ ᠭᠠᠷᠳᠠᠭᠤᠯᠵᠤ᠂ ᠠᠮᠵᠢᠯᠲᠠ ᠬᠦᠰᠡᠬᠦ ᠢᠢᠨ ᠵᠡᠷᠭᠡᠴᠡᠭᠡ ᠠᠵᠢᠯ ᠳᠤ ᠪᠠᠨ ᠬᠠᠷᠢᠭᠤᠴᠠᠯᠭ᠎ᠠ ᠲᠠᠢ ᠬᠠᠨᠳᠤᠬᠤ ᠢᠢ ᠠᠩ᠋ᠬᠠᠷᠤᠭᠤᠯᠤᠯ᠎ᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠵᠠᠷᠯᠢᠭ ᠭᠠᠷᠳᠠᠭᠤᠯᠬᠤ ᠳᠤ ᠪᠠᠨ 《ᠰᠢᠭᠦᠭ᠍ᠴᠢ ᠪᠡᠷ ᠲᠣᠮᠢᠯᠠᠭᠳᠠᠭᠰᠠᠨ ᠳᠤ ᠪᠠᠶᠠᠷ ᠬᠦᠷᠭᠡᠵᠦ ᠠᠵᠢᠯ ᠤᠨ ᠠᠮᠵᠢᠯᠲᠠ ᠬᠦᠰᠡᠶ᠎ᠡ᠃ ᠰᠢᠳᠤᠷᠭᠤ ᠶᠣᠰᠣ ᠠᠯᠳᠠᠭᠳᠠᠵᠤ᠂ ᠰᠢᠭᠦᠭ᠍ᠴᠢ ᠨᠠᠷ ᠤᠨ ᠨᠡᠷ᠎ᠡ ᠬᠦᠨᠳᠦ ᠮᠠᠭᠤ᠂ ᠨᠥᠬᠥᠴᠡᠯ ᠪᠠᠢᠢᠳᠠᠯ ᠬᠦᠨᠳᠦ ᠪᠠᠢᠢᠭ᠎ᠠ ᠦᠶ᠎ᠡ ᠳᠥ ᠬᠠᠷᠢᠭᠤᠴᠠᠯᠭᠠᠲᠠᠢ ᠠᠯᠪᠠᠨ ᠲᠤᠰᠢᠶᠠᠯ ᠳᠤ ᠲᠣᠮᠢᠯᠠᠭᠳᠠᠵᠤ ᠪᠠᠢᠢᠭ᠎ᠠ ᠪᠠᠨ ᠤᠬᠠᠮᠰᠠᠷᠯᠠᠵᠤ ᠠᠵᠢᠯᠯᠠᠭᠠᠷᠠᠢ》 ᠬᠡᠮᠡᠨ ᠰᠠᠨᠠᠭᠤᠯᠪᠠ᠃

thumbnail 18.11.12 Mimitsa
18.11.12 Mimitsa
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠧᠦ᠋ᠷᠣᠫᠠ ᠶᠢᠨ ᠬᠣᠯᠪᠣᠭᠠᠨ ᠤ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ᠂ ᠬᠥᠭᠵᠢᠯ ᠦᠨ ᠠᠰᠠᠭᠤᠳᠠᠯ ᠬᠠᠷᠢᠭᠤᠴᠠᠭᠰᠠᠨ ᠺᠣᠮᠢᠰᠰᠠᠷ ᠨᠸᠧᠧᠨ ᠮᠢᠮᠢᠼᠠ ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠧᠦ᠋ᠷᠣᠫᠠ ᠢᠢᠨ ᠬᠣᠯᠪᠣᠭᠠᠨ ᠤ ᠣᠯᠠᠨ ᠤᠯᠤᠰ ᠤᠨ ᠬᠠᠮᠲᠤ ᠢᠢᠨ ᠠᠵᠢᠯᠯᠠᠭ᠎ᠠ᠂ ᠬᠥᠭ᠍ᠵᠢᠯ ᠦᠨ ᠠᠰᠠᠭᠤᠳᠠᠯ ᠬᠠᠷᠢᠭᠤᠴᠠᠭᠰᠠᠨ ᠺᠣᠮᠢᠰᠰᠠᠷ ᠨᠸᠧᠧᠨ ᠮᠢᠮᠢᠼᠠ ᠢᠢ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠶᠠᠨ ᠨᠸᠧᠧᠨ ᠮᠢᠮᠢᠼᠠ ᠢᠢ ᠮᠣᠩ᠋ᠭᠣᠯ ᠤᠯᠤᠰ ᠲᠤ ᠲᠠᠪᠠᠲᠠᠢ ᠮᠣᠷᠢᠯᠠᠬᠤ ᠢᠢ ᠬᠦᠰᠡᠭᠡᠳ᠂ ᠬᠠᠮᠲᠤ ᠢᠢᠨ ᠠᠵᠢᠯᠯᠠᠭᠠᠨ ᠤ 30 ᠵᠢᠯ ᠦᠨ ᠣᠢ ᠢᠢᠨ ᠡᠮᠦᠨ᠎ᠡ ᠧᠦ᠋ᠷᠣᠫᠠ ᠢᠢᠨ ᠬᠣᠯᠪᠣᠭ᠎ᠠ ᠮᠠᠨ ᠤ ᠤᠯᠤᠰ ᠲᠤ ᠲᠥᠯᠥᠭᠡᠯᠡᠭᠴᠢ ᠢᠢᠨ ᠭᠠᠵᠠᠷ ᠢᠶᠠᠨ ᠨᠡᠭᠡᠭᠡᠬᠦ ᠭᠡᠵᠦ ᠪᠤᠢ ᠳᠤ ᠲᠠᠯᠠᠷᠬᠠᠯ ᠢᠯᠡᠷᠬᠡᠢᠢᠯᠡᠯ᠎ᠡ᠃ ᠮᠥᠨ ᠥᠩᠭᠡᠷᠡᠭᠰᠡᠨ ᠬᠤᠭᠤᠴᠠᠭᠠᠨ ᠤ ᠬᠠᠮᠲᠤ ᠢᠢᠨ ᠠᠵᠢᠯᠯᠠᠭ᠎ᠠ ᠪᠠᠨ᠂ ᠲᠤᠰᠠᠯᠠᠮᠵᠢ

thumbnail 18.11.09 Child
18.11.09 Child
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠡᠷᠡᠭᠦᠯ ᠬᠡᠦᠬᠡᠳ ᠡᠬᠡ ᠣᠷᠣᠨ ᠤ ᠢᠷᠡᠭᠡᠳᠦᠢ》 ᠬᠡᠦᠬᠡᠳ ᠦᠨ ᠡᠮᠴᠢ ᠨᠠᠷ ᠤᠨ ᠤᠯᠤᠰ ᠤᠨ ᠵᠥᠪᠯᠡᠭᠡᠨ ᠳᠥ ᠦᠭᠡ ᠬᠡᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠤᠭᠳᠠᠵᠤ ᠪᠤᠢ 《ᠡᠷᠡᠭᠦᠯ ᠬᠡᠦᠬᠡᠳ ᠡᠬᠡ ᠣᠷᠣᠨ ᠤ ᠢᠷᠡᠭᠡᠳᠦᠢ》 ᠬᠡᠦᠬᠡᠳ ᠦᠨ ᠡᠮᠴᠢ ᠨᠠᠷ ᠤᠨ ᠤᠯᠤᠰ ᠤᠨ ᠵᠥᠪᠯᠡᠭᠡᠨ ᠥᠨᠥᠳᠥᠷ ᠲᠥᠷᠥ ᠢᠢᠨ ᠣᠷᠳᠣᠨ ᠤ ᠶᠡᠬᠡ ᠲᠠᠩᠬᠢᠮ ᠳᠤ ᠪᠣᠯᠤᠯ᠎ᠠ᠃ ᠥᠨᠥᠳᠥᠷ ᠪᠠᠰᠠᠩ ᠭᠠᠷᠠᠭ ᠬᠡᠳᠦᠢ ᠴᠤ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠰᠢᠢᠳᠪᠦᠷᠢ ᠪᠡᠷ ᠠᠮᠠᠷᠠᠯᠲᠠ ᠢᠢᠨ ᠡᠳᠦᠷ ᠪᠣᠯᠭᠠᠨ ᠵᠠᠷᠯᠠᠭᠰᠠᠨ ᠢ ᠡᠰᠡ ᠲᠣᠭᠠᠴᠠᠨ ᠡᠨᠡᠬᠦ ᠵᠥᠪᠯᠡᠭᠡᠨ ᠳᠥ ᠣᠷᠣᠯᠴᠠᠭᠴᠢᠳ ᠰᠠᠯᠪᠤᠷᠢ ᠢᠢᠨ ᠢᠶᠠᠨ ᠲᠤᠯᠭᠠᠮᠳᠠᠭᠰᠠᠨ ᠠᠰᠠᠭᠤᠳᠠᠯ ᠢ ᠬᠡᠯᠡᠯᠴᠡᠬᠦ ᠪᠡᠷ ᠣᠯᠠᠭᠤᠯᠠ ᠪᠠᠨ ᠴᠤᠭᠯᠠᠷᠠᠵᠠᠢ᠃ ᠠᠮᠠᠷᠠᠯᠲᠠ ᠢᠢᠨ ᠡᠳᠦᠷ ᠢᠶᠡᠷ ᠠᠵᠢᠯᠯᠠᠵᠤ ᠠᠰᠠᠭᠤᠳᠠᠯ ᠢᠶᠠᠨ ᠶᠠᠷᠢᠯᠴᠠᠵᠤ ᠪᠠᠢᠢᠭ᠎ᠠ ᠲᠡᠳᠡᠨ ᠳᠥ ᠬᠠᠨᠳᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ