Та "Internet explorer"-ийн сүүлийн хувилбар болох "Microsoft edge"-г ашиглана уу

Хэрэв "Microsoft edge"-г татах бол энд дарж татаж авна уу

thumbnail Oi togtoolt.1
Oi togtoolt.1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠣᠢ ᠲᠣᠭᠲᠠᠭᠠᠯᠲᠠ ᠢᠢᠨ ᠳᠡᠯᠡᠬᠡᠢ ᠢᠢᠨ ᠠᠪᠤᠷᠭᠤ ᠪᠣᠯᠤᠭᠰᠠᠨ ᠲᠠᠮᠢᠷᠴᠢᠳ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨᠠ᠎ᠠ ᠢᠢᠨ ᠬᠦᠷᠡᠯᠰᠦ᠋ᠬᠡ 30 ᠳᠠᠬᠢ ᠤᠳᠠᠭ᠎ᠠ ᠢᠢᠨ ᠣᠢ ᠲᠣᠭᠲᠠᠭᠠᠯᠲᠠ ᠢᠢᠨ ᠳᠡᠯᠡᠬᠡᠢ ᠢᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠥ ᠲᠦᠷᠦᠭᠦᠯᠡᠭᠰᠡᠨ ᠪᠠᠭ ᠲᠠᠮᠢᠷᠴᠢᠳ ᠢ ᠬᠦᠯᠢᠶᠡᠨ ᠠᠪᠴᠤ ᠠᠭᠤᠯᠵᠠᠵᠤ᠂ ᠪᠠᠶᠠᠷ ᠬᠦᠷᠭᠡᠪᠡ᠃

ᠥᠩ᠋ᠭᠡᠷᠡᠭᠰᠡᠨ ᠬᠣᠶᠠᠳᠤᠭᠠᠷ ᠰᠠᠷ᠎ᠠ ᠳᠤ ᠴᠠᠬᠢᠮ ᠢᠶᠠᠷ ᠪᠣᠯᠤᠭᠰᠠᠨ ᠡᠨᠡ ᠲᠡᠮᠡᠴᠡᠭᠡᠨ ᠳᠥ 18 ᠤᠯᠤᠰ ᠤᠨ 366 ᠲᠠᠮᠢᠷᠴᠢᠨ ᠣᠢ ᠲᠣᠭᠲᠠᠭᠠᠯᠲᠠ ᠢᠢᠨ ᠰᠫᠣᠷᠲ ᠤᠨ 10 ᠲᠥᠷᠥᠯ ᠢᠶᠡᠷ ᠥᠷᠢᠰᠦᠯᠳᠦᠭᠰᠡᠨ ᠪᠠᠢᠢᠨ᠎ᠠ᠃

ᠨᠡᠢᠢᠯᠡᠪᠦᠷᠢ ᠳ᠋ᠦᠩ᠋ ᠪᠡᠷ ᠣᠯᠠᠨ ᠤᠯᠤᠰ ᠤᠨ ᠶᠡᠬᠡ ᠮᠠᠰᠲ᠋ᠸᠷ ᠨᠠᠷᠮᠠᠨᠳᠠᠬᠤ ᠢᠢᠨ ᠮᠥᠩᠬᠡᠱᠢᠷᠥ ᠳᠡᠯᠡᠬᠡᠢ ᠢᠢᠨ ᠬᠣᠱᠣᠢ ᠠᠪᠤᠷᠭᠤ ᠪᠣᠯᠵᠤ᠂ ᠣᠯᠠᠨ ᠤᠯᠤᠰ ᠤᠨ ᠶᠡᠬᠡ ᠮᠠᠰᠲ᠋ᠸᠷ ᠲᠠᠮᠢᠷ ᠤᠨ ᠲᠡᠨᠢᠭᠦᠨ ᠭᠤᠲᠠᠭᠠᠷ ᠪᠠᠢᠢᠷᠢ ᠡᠵᠡᠯᠡᠭᠰᠡᠨ ᠪᠣᠯ

thumbnail бэлтгэл хурандаа,1
бэлтгэл хурандаа,1
ᠪᠡᠯᠡᠳᠬᠡᠯ ᠬᠤᠷᠠᠨᠳᠠ ᠷᠢᠨᠳᠤᠤ ᠢᠢᠨ ᠳᠠᠸᠠᠳᠣᠷᠵᠢ ᠳᠤ ᠡᠷᠡᠭᠦᠯ ᠢ ᠬᠠᠮᠠᠭᠠᠯᠠᠬᠤ ᠢᠢᠨ ᠭᠠᠪᠢᠶᠠᠲᠤ ᠠᠵᠢᠯᠲᠠᠨ ᠴᠣᠯᠠ ᠬᠦᠷᠲᠡᠭᠡᠪᠡ

ᠮᠣᠩ᠋ᠭᠣᠯ ᠴᠡᠷᠢᠭ ᠡᠩᠬᠡ ᠢᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨᠠ᠎ᠠ ᠢᠢᠨ ᠬᠦᠷᠡᠯᠰᠦ᠋ᠬᠡ ᠵᠠᠷᠯᠢᠭ ᠭᠠᠷᠭᠠᠨ ᠲᠥᠷᠥ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ ᠠᠯᠪᠠ ᠬᠠᠭᠠᠭᠴᠢᠳ ᠢ ᠲᠥᠷᠥ ᠢᠢᠨ ᠳᠡᠭᠡᠳᠦ ᠱᠠᠩᠨᠠᠯ᠂ ᠣᠳᠣᠨ᠂ ᠮᠧᠳᠠᠯ ᠢᠶᠠᠷ ᠱᠠᠩᠨᠠᠯ ᠠ᠃

ᠡᠷᠡᠭᠦᠯ ᠢ ᠬᠠᠮᠠᠭᠠᠯᠠᠬᠤ ᠢᠢᠨ ᠭᠠᠪᠢᠶᠠᠲᠤ ᠠᠵᠢᠯᠲᠠᠨ ᠴᠣᠯᠠ ᠢᠢ᠄
ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠦ ᠡᠷᠡᠭᠦᠯ ᠮᠡᠨᠳᠦ ᠢᠢ ᠰᠠᠬᠢᠨ ᠬᠠᠮᠠᠭᠠᠯᠠᠬᠤ᠂ ᠲᠤᠰ ᠰᠠᠯᠪᠤᠷᠢ ᠢᠢ ᠬᠥᠭ᠍ᠵᠢᠭᠦᠯᠬᠦ ᠳᠥ ᠢᠳᠡᠪᠬᠢ ᠰᠠᠨᠠᠭᠠᠴᠢᠯᠠᠭ᠎ᠠ᠂ ᠦᠷ᠎ᠡ ᠪᠦᠲᠦᠭᠡᠯ ᠲᠡᠢ ᠠᠵᠢᠯᠯᠠᠨ ᠵᠡᠪᠰᠡᠭᠲᠦ ᠬᠦᠴᠦᠨ ᠦ ᠠᠩᠬᠠᠨ ᠤ ᠡᠩᠬᠡ ᠢᠢ ᠰᠠᠬᠢᠭᠤᠯᠤᠭᠴᠢ ᠢᠢᠨ ᠡᠭᠦᠷᠭᠡ ᠢᠢ ᠠᠮᠵᠢᠯᠲᠠᠲᠠᠢ ᠭᠦᠢᠴᠡᠳᠭᠡᠵᠦ᠂ ᠡᠩᠬᠡ ᠢᠢ

thumbnail эрхэлсэн,1
эрхэлсэн,1
ᠡᠷᠬᠢᠯᠡᠭᠰᠡᠨ ᠠᠵᠢᠯ ᠳᠤ ᠪᠠᠨ ᠠᠮᠵᠢᠯᠲᠠ ᠭᠠᠷᠭᠠᠭᠰᠠᠨ ᠠᠯᠪᠠ ᠬᠠᠭᠠᠭᠴᠢᠳ ᠢ ᠲᠥᠷᠥ ᠶᠢᠨ ᠣᠳᠣᠨ᠂ ᠮᠧᠳᠠᠯ ᠢᠶᠠᠷ ᠱᠠᠩᠨᠠᠯ ᠠ

ᠮᠣᠩ᠋ᠭᠣᠯ ᠴᠡᠷᠢᠭ ᠡᠩᠬᠡ ᠶᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠶᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠶᠢᠯᠡᠭᠴᠢ ᠤᠬᠤᠨ ᠠ᠋ ᠶᠢᠨ ᠬᠦᠷᠡᠯᠰᠦ᠋ᠬᠡ ᠵᠠᠷᠯᠢᠭ ᠭᠠᠷᠭᠠᠨ ᠡᠷᠬᠢᠯᠡᠭᠰᠡᠨ ᠠᠵᠢᠯ ᠳᠤ ᠪᠠᠨ ᠠᠮᠵᠢᠯᠲᠠ ᠭᠠᠷᠭᠠᠭᠰᠠᠨ᠂ ᠡᠩᠬᠡ ᠶᠢ ᠰᠠᠬᠢᠭᠤᠯᠬᠤ ᠪᠣᠯᠤᠨ ᠬᠦᠮᠦᠨᠯᠢᠭ ᠦᠨ ᠠᠵᠢᠯᠯᠠᠭᠠᠨ ᠳᠤ ᠣᠷᠣᠯᠴᠠᠭᠰᠠᠨ ᠠᠯᠪᠠ ᠬᠠᠭᠠᠭᠴᠢᠳ ᠢ ᠲᠥᠷᠥ ᠶᠢᠨ ᠣᠳᠣᠨ᠂ ᠮᠧᠳᠠᠯ ᠢᠶᠠᠷ ᠱᠠᠩᠨᠠᠯ ᠠ ᠃

ᠬᠥᠳᠡᠯᠮᠦᠷᠢ ᠶᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ᠄
ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠠᠬᠠᠮᠠᠳ ᠤᠨ ᠬᠣᠷᠢᠶᠠᠨ ᠤ ᠭᠡᠰᠢᠭᠦᠨ᠂ ᠬᠤᠷᠠᠨᠳᠠ ᠵᠠᠮᠰᠠᠷᠠᠨᠵᠠᠪ ᠤᠨ ᠸᠠᠩᠴᠢᠨᠰᠦ᠋ᠷᠦᠩ;
ᠲᠠᠩᠨᠠᠭᠤᠯ ᠤᠨ ᠶᠡᠷᠦᠩᠬᠡᠢ ᠭᠠᠵᠠᠷ ᠤᠨ ᠴᠡᠷᠢᠭ ᠦᠨ ᠲᠠᠩᠨᠠᠭᠤᠯ ᠤᠨ ᠭᠠᠵᠠᠷ ᠤᠨ ᠠᠬᠠᠮᠠᠳ ᠠᠵᠢᠯᠲᠠᠨ᠂ ᠪᠡᠯᠡᠳᠬᠡᠯ ᠬᠤᠷᠠᠨᠳᠠ ᠪᠠᠶᠠᠭᠤᠰ ᠤᠨ ᠡᠷᠬᠢᠮᠪᠠᠶᠠᠷ;
ᠴᠡᠷᠢᠭ ᠦᠨ

thumbnail 21.12.14 Russia
21.12.14 Russia
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ 30 ᠵᠢᠯ ᠦᠨ ᠣᠢ ᠢᠢ ᠲᠣᠬᠢᠶᠠᠯᠳᠤᠭᠤᠯᠤᠨ ᠮᠡᠨᠳᠦᠴᠢᠯᠡᠭᠡ ᠳᠡᠪᠰᠢᠭᠦᠯᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠲᠡᠷᠢᠭᠦᠨ ᠤᠬᠤᠨ᠎ᠠ ᠢᠢᠨ ᠬᠦᠷᠡᠯᠰᠦ᠋ᠬᠡ ᠦᠨᠳᠦᠰᠦᠨ ᠦ ᠠᠶᠣᠯ ᠦᠭᠡᠢ ᠪᠠᠢᠢᠳᠠᠯ ᠤᠨ ᠵᠥᠪᠯᠡᠯ ᠡᠭᠦᠰᠦᠨ ᠪᠠᠢᠢᠭᠤᠯᠤᠭᠳᠠᠰᠤᠨ ᠤ 30 ᠵᠢᠯ ᠦᠨ ᠣᠢ ᠢᠢ ᠲᠣᠬᠢᠶᠠᠯᠳᠤᠭᠤᠯᠤᠨ ᠪᠠᠶᠠᠷ ᠬᠦᠷᠭᠡᠵᠦ᠂ ᠮᠡᠨᠳᠦᠴᠢᠯᠡᠭᠡ ᠳᠡᠪᠰᠢᠭᠦᠯᠪᠡ᠃

ᠤᠭ
ᠮᠡᠨᠳᠦᠴᠢᠯᠡᠭᠡᠨ ᠳᠥ᠄

《ᠮᠣᠩ᠋ᠭᠣᠯᠴᠤᠳ ᠪᠢᠳᠡ ᠡᠷᠲᠡ ᠳᠡᠭᠡᠷ᠎ᠡ ᠦᠶ ᠡ᠋ ᠡᠴᠡ ᠲᠥᠷᠥ ᠤᠯᠤᠰ᠂ ᠲᠥᠷᠥᠯᠬᠢ ᠨᠤᠲᠤᠭ᠂ ᠲᠦᠮᠡᠨ ᠣᠯᠠᠨ ᠢᠶᠠᠨ ᠨᠢᠭᠡᠳᠦᠮᠡᠯ ᠰᠠᠨᠠᠭ᠎ᠠ᠂ ᠨᠢᠭᠡᠨ ᠵᠣᠷᠢᠭ᠂ ᠡᠪ ᠦᠨ ᠬᠦᠴᠣ  ᠪᠡᠷ ᠬᠠᠮᠠᠭᠠᠯᠠᠵᠤ ᠢᠷᠡᠭᠰᠡᠨ ᠲᠥᠷᠥᠳᠥ ᠶᠣᠰᠣᠨ ᠤ ᠲᠡᠦᠬᠡᠨ ᠤᠯᠠᠮᠵᠢᠯᠠᠯ ᠲᠠᠢ ᠠᠷᠠᠳ ᠲᠦᠮᠡᠨ ᠪᠢᠯᠡ᠃

ᠡᠨᠡ ᠲᠡᠦᠬᠡᠨ ᠤᠯᠠᠮᠵᠢᠯᠠᠯ ᠢ ᠨᠡᠷ᠎ᠡ ᠲᠥᠷᠥ ᠲᠡᠢ ᠦᠷᠭᠦᠯᠵᠢᠯᠡᠭᠦᠯᠵᠦ᠂ ᠤᠯᠤᠰ

thumbnail enhiig sahiulagch 1
enhiig sahiulagch 1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠡᠩᠬᠡ ᠢᠢ ᠰᠠᠬᠢᠭᠤᠯᠤᠭᠴᠢᠳ ᠤᠨ ᠢᠶᠠᠨ ᠲᠣᠭ᠎ᠠ ᠪᠠᠷ ᠳᠡᠯᠡᠬᠡᠢ ᠳᠥ ᠳᠡᠭᠡᠭᠦᠷ ᠲᠥ ᠣᠷᠣᠳᠠᠭ ᠨᠢ ᠮᠣᠩ᠋ᠭᠣᠯ ᠤᠯᠤᠰ ᠡᠩᠬᠡ ᠢᠢ ᠡᠷᠬᠢᠮᠯᠡᠭᠴᠢ ᠣᠷᠣᠨ ᠪᠣᠯᠬᠤ ᠢᠢᠨ ᠪᠣᠳᠠᠲᠤ ᠪᠠᠲᠤᠯᠠᠭ᠎ᠠ

ᠣᠯᠠᠨ ᠤᠯᠤᠰ ᠤᠨ ᠡᠩᠬᠡ ᠢᠢ ᠰᠠᠬᠢᠭᠤᠯᠤᠭᠴᠢᠳ ᠤᠨ ᠡᠳᠦᠷ᠂ ᠮᠣᠩ᠋ᠭᠣᠯ ᠴᠡᠷᠢᠭ ᠡᠩᠬᠡ ᠢᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠢᠢᠨ ᠴᠡᠷᠢᠭ ᠦᠨ ᠶᠣᠰᠣᠯᠠᠯ ᠤᠨ ᠵᠢᠭᠰᠠᠭᠠᠯ ᠵᠠᠩᠵᠤᠨ ᠳᠡ‍ ∙ ᠰᠦᠬᠡᠪᠠᠭᠠᠲᠤᠷ ᠤᠨ ᠲᠠᠯᠠᠪᠠᠢ ᠳᠤ ᠪᠣᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳᠠᠯᠠᠭᠴᠢ ᠤᠬᠤᠨᠠ᠎ᠠ ᠢᠢᠨ ᠬᠦᠷᠡᠯᠰᠦ᠋ᠬᠡ ᠵᠢᠭᠰᠠᠭᠠᠯ ᠢ ᠨᠡᠭᠡᠭᠡᠵᠦ ᠬᠡᠯᠡᠭᠰᠡᠨ ᠦᠭᠡ ᠢᠢ ᠪᠥᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨᠠ᠎ᠠ ᠢᠢᠨ ᠬᠦᠷᠡᠯᠰᠦ᠋ᠬᠡ ᠄
《ᠡᠷᠬᠢᠮ ᠬᠦᠨᠳᠡᠲᠥ ᠡᠩᠬᠡ ᠢᠢ ᠰᠠᠬᠢᠭᠤᠯᠤᠭᠴᠢ ᠴᠡᠩᠬᠡᠷ ᠳᠠᠭᠤᠯᠭᠠᠲᠠᠨ ᠳᠠᠢᠢᠴᠢᠳ ᠠ!

ᠡᠷᠬᠢᠮ ᠬᠦᠨᠳᠡᠲᠥ ᠵᠣᠴᠢᠳ ᠠ᠋!

ᠲᠠ ᠪᠦᠬᠦᠨ ᠳᠥ ᠣᠯᠠᠨ ᠤᠯᠤᠰ ᠤᠨ ᠡᠩᠬᠡ ᠢᠢ

thumbnail 15,1
15,1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠡᠬᠡ ᠬᠡᠯᠡ ᠪᠡᠨ ᠡᠷᠬᠢᠮᠯᠡᠨ ᠳᠡᠭᠡᠳᠦᠯᠡᠵᠦ᠂ ᠴᠠᠭ ᠦᠶ᠎ᠡ ᠢᠢᠨ ᠢᠶᠡᠨ ᠮᠡᠳᠡᠯᠭᠡ ᠣᠶᠤᠨ ᠢ ᠰᠢᠩ᠋ᠭᠡᠭᠡᠨ ᠪᠠᠶᠠᠵᠢᠭᠤᠯᠵᠤ᠂ ᠢᠷᠡᠭᠡᠳᠦᠢ ᠬᠣᠢᠢᠴᠢ ᠳᠤ ᠪᠠᠨ ᠥᠪᠯᠡᠭᠦᠯᠬᠦ ᠨᠢ ᠮᠣᠩ᠋ᠭᠣᠯ ᠬᠦᠮᠦᠨ ᠪᠦᠷᠢ ᠢᠢᠨ ᠡᠭᠦᠷᠭᠡ

ᠮᠣᠩ᠋ᠭᠣᠯ ᠤᠯᠤᠰ ᠤᠨ ᠶᠡᠬᠡ ᠰᠤᠷᠭᠠᠭᠤᠯᠢ᠂ ᠮᠣᠩ᠋ᠭᠣᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ᠂ ᠰᠢᠨᠵᠢᠯᠡᠬᠦ ᠤᠬᠠᠭᠠᠨ ᠤ ᠠᠺᠠᠳᠧᠮᠢ ᠢᠢᠨ 40 ᠭᠠᠷᠤᠢ ᠡᠷᠳᠡᠮᠲᠡᠨ ᠦ ᠬᠠᠮᠲᠤᠷᠠᠨ ᠵᠣᠬᠢᠶᠠᠭᠰᠠᠨ 《ᠮᠣᠩ᠋ᠭᠣᠯ ᠬᠡᠯᠡ ᠰᠤᠳᠤᠯᠤᠯ》 15 ᠪᠣᠲᠢ ᠨᠣᠮ ᠤᠨ ᠨᠡᠭᠡᠭᠡᠯᠲᠡ ᠥᠨᠥᠳᠥᠷ ᠮᠣᠩ᠋ᠭᠣᠯ ᠤᠯᠤᠰ ᠤᠨ ᠶᠡᠬᠡ ᠰᠤᠷᠭᠠᠭᠤᠯᠢ ᠢᠢᠨ ᠡᠷᠳᠡᠮ ᠦᠨ ᠲᠠᠩᠬᠢᠮ ᠳᠤ ᠪᠣᠯᠤᠯ᠎ᠠ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠠ᠎ᠠ ᠢᠢᠨ ᠬᠦᠷᠡᠯᠰᠦ᠋ᠬᠡ ᠨᠡᠭᠡᠭᠡᠯᠲᠡ ᠢᠢᠨ ᠶᠣᠰᠣᠯᠠᠯ ᠳᠤ ᠣᠷᠣᠯᠴᠠᠵᠤ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠯᠡᠭᠰᠡᠨ ᠦᠭᠡᠨ ᠳᠥ ᠪᠡᠨ᠂ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠦᠵᠡᠯ ᠪᠠᠷᠢᠮᠲᠠᠯᠠᠯ ᠳᠤ 《ᠦᠨᠳᠦᠰᠦᠨ ᠦ ᠲᠡᠦᠬᠡ᠂ ᠬᠡᠯᠡ᠂ ᠰᠣᠶᠣᠯ᠂ ᠥᠪ ᠤᠯᠠᠮᠵᠢᠯᠠᠯ᠂ ᠵᠠᠩ